ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ - ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ
ᠨᠡᠶᠢᠲᠡᠯᠡᠭᠰᠡᠨ ᠴᠠᠭ᠄
2025/4/16
        ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠨᠡᠷᠡᠰ ᠤᠨ ᠵᠢᠭᠰᠠᠭᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠬᠠᠩᠭᠢᠨ ᠬᠤᠶᠢᠲᠤ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠰᠢᠯᠢᠨ ᠰᠣᠩᠭᠤᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠰᠢᠯᠢᠨ ᠰᠣᠩᠭᠤᠬᠤ ᠪᠠᠷᠢᠮᠵᠢᠶ᠎ᠠ ᠶᠢ ᠦᠨᠳᠦᠰᠦᠯᠡᠨ᠂ ᠲᠤᠰ ᠤᠳᠠᠭᠠᠨ ᠤ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠭᠤᠣᠯᠳᠠᠯᠭ᠎ᠠ ᠲᠠᠢ ᠲᠣᠰᠬᠤᠨ ᠢ ᠭᠤᠶᠤᠴᠢᠯᠠᠨ ᠮᠡᠳᠡᠭᠦᠯᠵᠦ᠂ ᠮᠠᠨ ᠤ ᠲᠥᠪ ᠠᠴᠠ ᠨᠠᠷᠢᠨ ᠬᠢᠨᠠᠮᠠᠭᠠᠢ ᠰᠢᠯᠢᠨ ᠰᠣᠩᠭᠤᠬᠤ ᠪᠠᠷ ᠳᠠᠮᠵᠢᠨ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ - ᠬᠠᠩᠭᠢᠨ ᠬᠤᠶᠢᠲᠤ ᠬᠤᠰᠢᠭᠤᠨ ᠤ ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠳᠤ ᠮᠡᠳᠡᠭᠦᠯᠦᠭᠰᠡᠨ ᠪᠠᠶᠢᠨ᠎ᠠ᠃       ᠬᠠᠩᠭᠢᠨ ᠬᠤᠶᠢᠲᠤ ᠬᠤᠰᠢᠭᠤᠨ ᠤ ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠪᠠᠯᠭᠠᠰᠤᠨ ᠤ ᠵᠠᠰᠠᠭ ᠤᠨ ᠣᠷᠳᠣᠨ ᠤ ᠬᠤᠶᠢᠲᠤ ᠬᠡᠰᠡᠭ ᠤᠨ 6 ᠺᠢᠯᠤᠮᠤᠳ᠋ᠷ ᠤᠨ ᠭᠠᠵᠠᠷ ᠲᠤ ᠪᠠᠶᠢᠷᠢᠯᠠᠵᠤ᠂ ᠪᠦᠬᠦ ᠲᠣᠰᠬᠤᠨ ᠳᠤ 12 ᠲᠣᠰᠬᠤᠨ ᠤ ᠠᠷᠠᠳ ᠤᠨ ᠳᠤᠭᠤᠶᠢᠯᠠᠩ᠂ 554 ᠡᠷᠦᠬᠡ᠂ 1820 ᠬᠥᠮᠦᠨ᠂ ᠪᠦᠬᠦ ᠲᠣᠰᠬᠤᠨ ᠤ ᠬᠠᠷᠢᠶ᠎ᠠ ᠭᠠᠵᠠᠷ ᠤᠨ ᠲᠠᠯᠠᠪᠠᠢ 32000 ᠮᠦ᠂ ᠡᠭᠦᠨ ᠳᠤ ᠲᠠᠷᠢᠶᠠᠨ ᠭᠠᠵᠠᠷ ᠤᠨ ᠲᠠᠯᠠᠪᠠᠢ 18000 ᠮᠦ ᠪᠠᠶᠢᠨ᠎ᠠ᠃ ᠣᠶᠢᠷ᠎ᠠ ᠶᠢᠨ ᠵᠢᠯ ᠠᠴᠠ᠂ ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠪᠠᠨ ᠬᠦᠴᠦᠷᠬᠡᠭ ᠪᠠᠯᠭᠠᠰᠤ︾ ᠶᠢᠨ ᠠᠵᠠ ᠲᠣᠬᠢᠶᠠᠯ ᠢ ᠠᠰᠢᠭᠯᠠᠨ᠂ ︽ᠵᠢᠩ ᠬᠤᠸᠠᠩ ᠬᠤᠣᠰ ᠤᠰᠤᠯᠠᠯᠲᠠ᠂ ᠭᠠᠵᠠᠷ ᠰᠢᠷᠣᠢ ᠥᠩ ᠰᠢᠮᠡᠯᠢᠭ᠂ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠰ ᠲᠥᠪᠯᠡᠷᠡᠭᠰᠡᠨ︾ ᠳᠠᠪᠠᠭᠤᠯᠢᠭ ᠲᠤ ᠲᠦᠰᠢᠭᠯᠡᠵᠦ᠂ ᠡᠯ᠎ᠡ ᠵᠦᠢᠯ ᠤᠨ ᠠᠵᠤ ᠦᠢᠯᠡᠰ ᠲᠦᠷᠭᠡᠨ ᠥᠷᠨᠢᠩᠭᠦᠢ ᠬᠥᠭᠵᠢᠵᠦ᠂ ᠣᠢ ᠰᠢᠭᠤᠢ ᠵᠢᠮᠢᠰ᠂ ᠰᠠᠭᠠᠯᠢ ᠶᠢᠨ ᠦᠨᠢᠶ᠎ᠡ᠂ ᠲᠦᠬᠦᠭᠡᠷᠦᠮᠵᠢᠲᠦ ᠲᠠᠷᠢᠶᠠᠯᠠᠩ᠂ ᠬᠥᠳᠡᠭᠡ ᠲᠣᠰᠬᠤᠨ ᠤ ᠵᠤᠭᠠᠴᠠᠯ᠂ ᠬᠥᠳᠡᠭᠡ ᠲᠣᠰᠬᠤᠨ ᠤ ᠭᠡᠷᠡᠯ ᠤᠨ ᠬᠠᠷᠢᠯᠴᠠᠨ ᠨᠥᠬᠦᠪᠥᠷᠢᠯᠡᠬᠦ ᠵᠡᠷᠭᠡ ᠣᠨᠴᠠᠯᠢᠭᠲᠤ ᠠᠵᠤ ᠦᠢᠯᠡᠰ ᠢ ᠪᠦᠷᠢᠯᠳᠦᠭᠦᠯᠵᠦ᠂ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ︾᠂ ︽ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾᠂ ︽ᠳᠤᠮᠳᠠᠳᠤ ᠤᠯᠤᠰ ᠤᠨ ᠬᠠᠮᠤᠭ ᠤᠨ ᠭᠤᠶᠣ ᠰᠡᠯᠡᠭᠦᠴᠡᠯ ᠤᠨ ᠬᠥᠳᠡᠭᠡ ᠲᠣᠰᠬᠤᠨ︾᠂ ︽ᠤᠯᠤᠰ ᠤᠨ ᠣᠢ ᠰᠢᠭᠤᠢ ᠶᠢᠨ ᠬᠥᠳᠡᠭᠡ ᠲᠣᠰᠬᠤᠨ︾᠂ ︽ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠵᠡᠷᠭᠡ ᠢᠷᠠᠭᠤ ᠠᠯᠳᠠᠷ ᠤᠨ ᠴᠣᠯᠠ ᠣᠯᠵᠠᠢ᠃         ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ︽ᠵᠢᠭᠤᠯᠴᠢᠯᠠᠯ +︾ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠠᠵᠤ ᠦᠢᠯᠡᠰ᠂ ᠰᠣᠶᠣᠯ᠂ ᠵᠢᠭᠤᠯᠴᠢᠯᠠᠯ ︽ᠭᠤᠷᠪᠠ ᠶᠢ ᠨᠢᠭᠡ ᠴᠣᠭᠴᠠᠵᠢᠭᠤᠯᠬᠤ︾ ᠪᠠ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠠᠮᠨᠠᠵᠤ᠂ ᠬᠥᠳᠡᠭᠡ ᠲᠣᠰᠬᠤᠨ ᠢ ᠳᠠᠩ ᠭᠠᠭᠴᠠ ᠬᠥᠳᠡᠭᠡ ᠠᠵᠤ ᠠᠬᠤᠢ ᠶᠢᠨ ᠠᠵᠤ ᠠᠬᠤᠢ ᠠᠴᠠ ᠠᠯᠬᠤᠮ ᠠᠯᠬᠤᠮ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠣᠯᠠᠨ ᠡᠰᠢᠴᠢᠯᠡᠭᠰᠡᠨ ᠠᠵᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃         ᠰᠢ ᠺᠧᠦ · ᠠᠷᠠᠳ ᠤᠨ ᠵᠠᠩ ᠦᠢᠯᠡ ᠶᠢᠨ ᠲᠣᠰᠬᠤᠨ ᠠᠩᠬ᠎ᠠ ᠠᠯᠬᠤᠮ ᠬᠡᠪᠴᠢᠶᠡᠵᠢᠵᠦ᠂ ᠬᠤᠯᠠ ᠣᠶᠢᠷ᠎ᠠ ᠳᠤ ᠠᠯᠳᠠᠷᠰᠢᠵᠤ᠂ ᠬᠤᠸᠠ ᠺᠠᠢ ᠵᠢᠭᠠᠰᠤᠨ ᠲᠠᠯᠠᠪᠠᠢ᠂ ᠯᠢᠶᠠᠨ ᠴᠤᠸᠠᠨ ᠠᠮᠢ ᠠᠬᠤᠢ ᠶᠢᠨ ᠬᠦᠷᠢᠶᠡᠯᠡᠩ᠂ ᠵᠠᠩ ᠳ᠋ᠦᠩ ᠵᠢᠭᠠᠰᠤᠨ ᠲᠠᠯᠠᠪᠠᠢ᠂ ᠫᠧᠢ ᠱᠧᠩ ᠶᠦᠨ ᠵᠢᠭᠠᠰᠤᠨ ᠲᠠᠯᠠᠪᠠᠢ᠂ ᠰᠢᠨ ᠹᠧᠩ ᠣᠢ ᠰᠢᠭᠤᠢ ᠶᠢᠨ ᠲᠠᠯᠠᠪᠠᠢ ᠵᠡᠷᠭᠡ ᠨᠤᠭᠤ ᠭᠠᠵᠠᠷ ᠤᠨ ᠤᠰᠤᠨ ᠭᠠᠳᠠᠷᠭᠤ ᠳᠤ 2000 ᠭᠠᠷᠤᠢ ᠮᠦ ᠭᠠᠵᠠᠷ ᠡᠵᠡᠯᠡᠵᠦ᠂ ᠡᠮᠦᠨᠡᠲᠦ ᠣᠷᠣᠨ ᠤ ᠤᠰᠤᠨ ᠲᠠᠷᠢ᠊ ᠡᠶ᠎ᠡ ᠡᠪᠡᠰᠦ ᠲᠡᠭᠦᠬᠦ ᠬᠦᠷᠢᠶᠡᠯᠡᠩ᠂ ᠷᠦᠢ ᠪᠢᠨ ᠬᠡᠷᠡᠯ ᠴᠡᠨᠡᠭ ᠤᠨ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠲᠠᠷᠢᠶᠠᠯᠠᠩ ᠤᠨ ᠬᠦᠷᠢᠶᠡᠯᠡᠩ᠂ ᠰᠡᠯᠡᠭᠦᠴᠡᠯ ᠵᠢᠭᠠᠰᠤ ᠠᠩᠨᠠᠬᠤ ᠬᠦᠷᠢᠶᠡᠯᠡᠩ ᠪᠣᠯᠤᠨ ᠲᠠᠢ ᠫᠢᠩ ᠰᠦ ᠶᠢᠨ ᠦᠢᠯᠡᠰ ᠤᠨ ᠲᠣᠭᠤᠷᠢᠨ ᠦᠵᠡᠬᠦ ᠭᠠᠵᠠᠷ ᠵᠡᠷᠭᠡ ᠣᠨᠴᠠᠯᠢᠭᠲᠤ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠨᠢ ᠪᠣᠷᠣᠭᠠᠨ ᠤ ᠳᠠᠷᠠᠭᠠᠬᠢ ᠬᠤᠯᠤᠰᠤᠨ ᠤ ᠰᠦᠶ᠎ᠡ ᠮᠡᠲᠦ ᠴᠣᠯᠭᠤᠷᠠᠨ ᠭᠠᠷᠴᠤ᠂ ᠠᠳᠡ ᠣᠷᠣᠰᠢᠨ ᠰᠠᠭᠤᠵᠤ ᠪᠠᠶᠢᠭ᠎ᠠ ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠡᠪ ᠳᠠᠭᠤᠷᠢᠶᠠᠯ - ᠰᠢᠶᠣᠤ ᠲᠢᠶᠠᠨ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠵᠢᠭᠤᠯᠴᠢᠯᠠᠯ ᠤᠨ ᠣᠷᠣᠨ 2022 ᠣᠨ ᠳᠤ ᠤᠯᠤᠰ ᠤᠨ 3A ᠳᠡᠰ ᠤᠨ ᠵᠢᠭᠤᠯᠴᠢᠯᠠᠯ ᠤᠨ ᠣᠷᠣᠨ ᠢᠶᠠᠷ ᠦᠨᠡᠯᠡᠭᠳᠡᠵᠦ᠂ ᠦᠵᠡᠮᠵᠢ ᠶᠢᠨ ᠣᠷᠣᠨ ᠤ ᠬᠥᠭᠵᠢᠯᠲᠡ ᠶᠢᠨ ᠲᠣᠭᠤᠷᠢᠨ ᠳᠤ ᠪᠠᠶᠢᠭᠤᠯᠤᠭᠰᠠᠨ 20 ᠰᠢᠬᠠᠮ ᠲᠤᠰ ᠲᠤᠰ ᠥᠪᠡᠷᠮᠢᠴᠡ ᠣᠨᠴᠠᠯᠢᠭ ᠲᠠᠢ ᠲᠠᠷᠢᠶᠠᠴᠢᠨ ᠠᠶᠢᠯ ᠤᠨ ᠵᠤᠭᠠᠴᠠᠯ᠂ ᠵᠢᠭᠠᠰᠤᠴᠢᠨ ᠠᠶᠢᠯ ᠤᠨ ᠪᠠᠶᠠᠰᠤᠯ ᠨᠡᠩ ᠴᠤ ᠡᠨᠡ ᠬᠦ ᠬᠤᠭᠤᠴᠠᠭᠠᠨ ᠳᠤ ᠢᠯᠡᠷᠡᠪᠡ᠃ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠣᠢ ᠰᠢᠭᠤᠢ ᠶᠢᠨ ᠲᠠᠯᠠᠪᠠᠢ ᠪᠣᠯ ᠪᠦᠬᠦ ᠤᠯᠤᠰ ᠤᠨ ᠵᠢᠵᠢᠭ ᠰᠠᠪᠠ ᠭᠠᠵᠠᠷ ᠤᠨ ᠡᠯᠡᠰᠦ ᠶᠢ ᠵᠠᠰᠠᠬᠤ ᠬᠠᠯᠬᠠᠪᠴᠢ ᠪᠣᠯᠵᠤ᠂ ᠪᠦᠬᠦ ᠤᠯᠤᠰ ᠤᠨ ᠣᠢ ᠰᠢᠭᠤᠢ ᠶᠢᠨ ᠹᠷᠣᠨᠲ ᠤᠨ ᠡᠯᠡᠰᠦ ᠶᠢ ᠵᠠᠰᠠᠬᠤ ︽ᠲᠤᠰᠬᠠᠢ ᠮᠡᠷᠭᠡᠵᠢᠯᠲᠡᠨ︾ ᠪᠣᠯᠬᠤ ᠨᠢᠦ ᠡᠯ ᠳ᠋ᠠᠨ ᠴᠣᠯᠭᠤᠷᠠᠨ ᠭᠠᠷᠴᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠳᠤ ᠣᠷᠣᠯᠴᠠᠭᠰᠠᠨ ᠪᠥᠭᠡᠳ ᠤᠯᠤᠰ ᠤᠨ ᠤᠳᠤᠷᠢᠳᠬᠤ ᠬᠥᠮᠦᠰ ᠬᠦᠯᠢᠶᠡᠨ ᠠᠪᠴᠤ ᠠᠭᠤᠯᠵᠠᠪᠠ᠃         ︽ᠲᠣᠰᠬᠤᠨ ᠠᠵᠤ ᠠᠬᠤᠶᠢᠯᠠᠯ ᠢ ᠨᠢᠭᠡᠳᠬᠡᠬᠦ᠂ ᠠᠵᠤ ᠠᠬᠤᠶᠢᠯᠠᠯ ᠢᠶᠠᠷ ᠲᠣᠰᠬᠤᠨ ᠢ ᠳᠠᠶᠢᠴᠢᠯᠠᠬᠤ᠂ ᠲᠣᠰᠬᠤᠨ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ︾ ᠵᠠᠭᠪᠤᠷ ᠢ ᠠᠪᠴᠤ᠂ ᠠᠷᠠᠳ ᠠᠴᠠ ᠪᠠᠶᠢᠭᠤᠯᠤᠭᠰᠠᠨ ᠲᠣᠰᠬᠤᠨ ᠤ ᠭᠤᠷᠪᠠᠨ ᠳᠤᠭᠤᠶᠢᠯᠠᠩ ᠤᠨ 1500 ᠮᠦ ᠲᠠᠷᠢᠶᠠᠨ ᠭᠠᠵᠠᠷ ᠢ ᠰᠢᠯᠵᠢᠭᠦᠯᠦᠨ ᠬᠤᠪᠢ ᠣᠷᠣᠭᠤᠯᠵᠤ᠂ ᠺᠣᠮᠫᠠᠨᠢ ᠠᠴᠠ ᠨᠢᠭᠡᠳᠦᠯᠲᠡᠢ ᠡᠵᠡᠩᠨᠡᠵᠦ᠂ ᠺᠣᠮᠫᠠᠨᠢ ᠠᠴᠠ ᠨᠢᠭᠡᠳᠦᠯᠲᠡᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠤᠭᠰᠠᠨ 50 ᠡᠷᠦᠬᠡ ᠲᠣᠰᠬᠤᠨ ᠤ ᠠᠷᠠᠳ ᠥᠨᠳᠥᠷ ᠪᠠᠷᠢᠮᠵᠢᠶᠠᠲᠤ ᠰᠢᠨ᠎ᠡ ᠬᠥᠳᠡᠭᠡ ᠲᠣᠰᠬᠤᠨ ᠤ ᠣᠷᠣᠨ ᠰᠠᠭᠤᠴᠠ ᠪᠠᠶᠢᠭᠤᠯᠵᠤ᠂ ᠨᠢᠭᠡ ᠪᠦᠯᠦᠭ ᠨᠢ ᠲᠠᠷᠢᠶᠠᠴᠢᠨ ᠠᠵᠤ ᠠᠬᠤᠶᠢᠯᠠᠯ ᠳᠤ ᠬᠦᠷᠴᠦ ᠠᠵᠢᠯ ᠣᠯᠵᠤ᠂ ᠠᠵᠤ ᠦᠢᠯᠡᠰ ᠤᠨ ᠠᠵᠢᠯᠴᠢᠨ ᠪᠣᠯᠵᠤ᠂ ᠵᠢᠯ ᠪᠦᠷᠢ ᠭᠠᠵᠠᠷ ᠰᠢᠷᠣᠢ ᠶᠢᠨ ᠲᠦᠷᠢᠶᠡᠰᠦᠨ ᠮᠥᠩᠭᠦ ᠶᠢᠨ ᠠᠰᠢᠭ ᠣᠷᠣᠯᠭ᠎ᠠ ᠣᠯᠬᠤ ᠶᠢᠨ ᠬᠠᠮᠲᠤ ᠠᠵᠤ ᠠᠬᠤᠶᠢᠯᠠᠯ ᠤᠨ ᠴᠠᠯᠢᠩ ᠪᠠ ᠬᠤᠪᠢ ᠣᠷᠣᠭᠤᠯᠵᠤ ᠠᠰᠢᠭ ᠬᠤᠪᠢᠶᠠᠷᠢᠯᠠᠵᠤ᠂ ᠣᠷᠣᠯᠭ᠎ᠠ ᠨᠢ ᠡᠷᠭᠢᠨ ᠲᠣᠭᠤᠷᠢᠨ ᠤ ᠪᠤᠰᠤᠳ ᠲᠣᠰᠬᠤᠨ ᠳᠤᠭᠤᠶᠢᠯᠠᠩ ᠤᠨ ᠣᠷᠣᠯᠭ᠎ᠠ ᠠᠴᠠ ᠢᠯᠡᠳᠲᠡ ᠥᠨᠳᠥᠷ ᠪᠣᠯᠵᠤ᠂ ᠵᠢᠭᠤᠯᠴᠢᠯᠠᠯ ᠤᠨ ᠦᠢᠯᠡᠰ ᠢᠶᠠᠷ ᠤᠳᠤᠷᠢᠳᠤᠮᠵᠢ ᠪᠣᠯᠭᠠᠭᠰᠠᠨ᠂ ᠣᠶ ᠵᠢᠮᠢᠰ ᠤᠨ ᠦᠶ᠋ᠯᠡᠰ᠂ ᠬᠡᠷᠡᠯ ᠴᠡᠨᠡᠭ ᠤᠨ ᠠᠵᠤ ᠦᠶ᠋ᠯᠡᠰ᠂ ᠪᠡᠯᠡᠳᠬᠡᠮᠵᠢᠲᠦ ᠲᠠᠷᠢᠶᠠᠯᠠᠩ ᠵᠡᠷᠭᠡ ᠶᠢ ᠵᠡᠷᠭᠡ ᠪᠠᠷ ᠣᠷᠣᠭᠤᠯᠤᠭᠰᠠᠨ ᠠᠵᠤ ᠦᠶ᠋ᠯᠡᠰ ᠤᠨ ᠣᠨᠴᠠᠯᠢᠭᠲᠤ ᠪᠠᠶᠢᠷᠢᠰᠢᠯ ᠢ ᠪᠣᠢ ᠪᠣᠯᠭᠠᠪᠠ᠃         ᠷᠦᠢ ᠪᠢᠨ ᠺᠣᠮᠫᠠᠨᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᠪᠡᠯᠡᠳᠭᠡᠮᠵᠢᠳᠤ ᠲᠠᠷᠢᠶᠠᠯᠠᠩ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ 2017 ᠣᠨ ᠤ 6 ᠳ᠋ᠤᠭᠠᠷ ᠰᠠᠷ᠎ᠠ ᠳᠤ ᠪᠦᠬᠦᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 5100 ᠲᠦᠮᠡᠨ ᠺᠢᠯᠣᠸᠠᠲ ᠴᠠᠭ ᠲᠤ ᠬᠦᠷᠴᠦ᠂ 4080 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠨᠢ 4080 ᠲᠦᠮᠡᠨ ᠲᠥᠭᠦᠷᠢᠭ ᠲᠤ ᠬᠦᠷᠴᠦ᠂ 160 ᠭᠠᠷᠤᠢ ᠬᠥᠮᠦᠨ ᠳᠤ ᠠᠵᠢᠯ ᠣᠯᠭᠤᠵᠤ᠂ ᠭᠠᠵᠠᠷ ᠰᠢᠷᠣᠢ ᠶᠢᠨ ᠭᠠᠷᠤᠯᠲᠠ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠪᠡ᠃        ᠢᠯᠠᠩᠭᠤᠶ᠎ᠠ ᠣᠶᠢᠷ᠎ᠠ ᠶᠢᠨ ᠬᠡᠳᠦᠨ ᠵᠢᠯ ᠳᠤ ᠬᠥᠳᠡᠭᠡ ᠲᠣᠰᠬᠤᠨ ᠤ ᠭᠤᠶᠢᠳᠠ ᠰᠠᠶᠢᠬᠠᠨ ᠥᠩᠭᠡ ᠦᠵᠡᠮᠵᠢ ᠨᠢ ᠡᠷᠭᠢᠨ ᠲᠣᠭᠤᠷᠢᠨ ᠤ ᠲᠤᠭ᠎ᠠ ᠲᠣᠮᠰᠢ ᠦᠭᠡᠢ ᠣᠯᠠᠨ ᠵᠤᠭᠠᠴᠠᠭᠰᠠᠳ ᠢ ᠲᠡᠳᠡᠨ ᠠᠪᠴᠢᠷᠠᠵᠤ ︽ᠨᠢᠭᠡ ᠡᠳᠦᠷ ᠤᠨ ᠵᠢᠭᠤᠯᠴᠢᠯᠠᠯ᠂ ᠭᠠᠷᠠᠭ ᠤᠨ ᠰᠡᠭᠦᠯᠴᠢ ᠶᠢᠨ ᠵᠢᠭᠤᠯᠴᠢᠯᠠᠯ︾ ᠬᠢᠯᠭᠡᠵᠦ᠂ ᠬᠤᠭᠤᠯᠠᠨ ᠰᠢᠷᠡᠭᠡᠨ ᠤ ᠬᠡᠷᠡᠭᠯᠡᠬᠦ ᠢᠳᠡᠭᠡᠨ ᠤ ᠮᠠᠲ᠋ᠧᠷᠢᠶᠠᠯ ᠢ ᠪᠦᠬᠦᠨ ᠢ ᠲᠤᠬᠠᠢ ᠶᠢᠨ ᠭᠠᠵᠠᠷ ᠤᠨ ᠥᠪᠡᠷ ᠢᠶᠠᠨ ᠦᠢᠯᠡᠳᠪᠦᠷᠢᠯᠡᠵᠦ ᠬᠠᠩᠭᠠᠵᠤ᠂ ᠢᠳᠡᠬᠦ᠂ ᠰᠠᠭᠤᠬᠤ ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠭᠠᠵᠠᠷ ᠪᠦᠬᠦᠨ ᠢ ᠬᠠᠮᠲᠤᠪᠠᠷ ᠬᠠᠩᠭᠠᠵᠤ᠂ ᠵᠣᠴᠢᠳ ᠲᠤ ᠪᠠᠶᠢᠭᠠᠯᠢ ᠶᠢᠨ ᠪᠠᠶᠠᠷ ᠪᠠᠭ᠋ᠠᠳᠤᠯ ᠢ ᠡᠳ᠋ᠯᠡᠭᠦᠯᠪᠡ᠃        ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠤ ᠭᠤᠶᠤᠴᠢᠯᠠᠨ ᠮᠡᠳᠡᠭᠦᠯᠬᠦ ᠳᠤ ᠭᠤᠣᠯᠳᠠᠯᠭ᠎ᠠ ᠲᠠᠢ ᠲᠣᠰᠬᠤᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠶᠡᠬᠡᠪᠡᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ