ᠤᠢᠢᠷ᠎ᠠ ᠳᠤ ᠱᠤᠸᠠᠩ ᠮᠢᠶᠣᠣ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ︽ᠵᠢᠰᠦ ᠴᠢᠷᠠᠢ︾ ᠶᠢ ᠲᠠᠰᠤᠷᠠᠯᠲᠠ ᠦᠭᠡᠢ | ᠰᠢᠨᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠡᠩ ᠡᠶ᠎ᠡ ᠨᠠᠶᠢᠷᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠱᠤᠸᠠᠩ ᠮᠢᠶᠣᠣ | ᠪᠠᠯᠭᠠᠰᠤ ᠶᠢᠨ ᠰᠢᠨ᠎ᠡ ᠵᠢᠷᠤᠭ ᠳᠦᠷᠰᠦ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ | | | ᠵᠢᠶᠠᠨ ᠵᠧᠩ ᠲᠣᠰᠬᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠴᠡᠪᠡᠷᠯᠡᠭᠴᠢᠳ ᠵᠠᠮ ᠤᠨ ᠠᠷᠢᠭᠤᠨ | ᠴᠡᠪᠡᠷ ᠢ ᠬᠠᠮᠠᠭᠠᠯᠠᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠪᠤᠢ ᠪᠣᠯᠭᠠᠪᠠ᠃ | ᠽᠧᠩ ᠭᠤᠸᠠᠩ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠣᠰᠬᠤᠨ ᠤ | ᠠᠷᠠᠳ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠦᠨᠡᠨᠬᠦ | ᠪᠠᠳᠠᠷᠠᠭᠤᠯᠵᠤ᠂ ᠲᠠᠷᠢᠶᠠᠴᠢᠨ ᠲᠦᠮᠡᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠳᠤ ᠣᠷᠣᠯᠴᠠᠭᠤᠯᠬᠤ ᠬᠡᠷᠡᠭᠲᠡᠢ᠃ | ᠡᠯ ᡁᠢ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠭ ᠨᠣᠪᠰᠢ ᠶᠢ | ᠰᠢᠯᠵᠢᠭᠦᠯᠦᠨ ᠲᠡᠭᠡᠭᠡᠪᠦᠷᠢᠯᠡᠬᠦ ᠴᠡᠭ ᠲᠤ ᠨᠢᠭᠡᠳᠦᠯᠲᠡᠶ ᠬᠤᠷᠢᠶᠠᠨ ᠠᠪᠴᠤ ᠰᠢᠢᠳᠪᠦᠷᠢᠯᠡᠨ᠎ᠡ᠃ | ᠦ᠋ ᠹᠧᠩ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠳᠤᠮᠵᠢ ᠶᠢᠨ ᠬᠤᠰᠢᠭᠤᠴᠢ᠂ | ᠲᠣᠰᠬᠤᠨ ᠤ ᠠᠷᠠᠳ ᠭᠤᠣᠯ ᠵᠠᠮ᠂ ᠨᠣᠭᠤᠭᠠᠷᠠᠭᠤᠯᠤᠯᠲᠠ ᠶᠢᠨ ᠪᠦᠰᠡ᠂ ᠲᠣᠰᠬᠤᠨ ᠤ ᠡᠷᠬᠢᠨ ᠲᠣᠭᠤᠷᠢᠨ ᠤ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ | ᠴᠡᠪᠡᠷ ᠲᠣᠬᠢᠯᠢᠭ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠪᠠ᠃ | | | |