ᠬᠠᠩᠭᠢᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/4/2
       ᠡᠳᠦᠭᠡ ᠬᠠᠩᠭᠢᠨ ᠬᠤᠶᠢᠲᠤ ᠬᠤᠰᠢᠭᠤᠨ ᠤ ᠢᠦᠢ ᠰᠢᠨ ᠤ ᠳᠠᠶᠢᠯᠠᠯᠭ᠎ᠠ ᠶᠢᠨ ᠬᠤᠲᠠ ᠶᠢᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠦᠢᠯᠡᠳᠬᠦᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠶ᠎ᠠ᠄ ᠨᠢᠭᠡ᠂ ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ ᠵᠠᠭᠪᠤᠷ ᠲᠠᠢ ᠨᠡᠷᠡᠶᠢᠳᠦᠯ᠄ ᠵᠢᠶᠠᠩ ᠨᠤᠭᠤᠰᠤᠨ ᠤ ᠪᠠᠶᠢᠷᠢ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 12 ᠰᠠᠷ᠎ᠠ ᠶᠢᠨ 17 ᠤ ᠡᠳᠦᠷ᠂ ᠬᠢᠷᠢ ᠲᠡᠩᠴᠡᠬᠦ ᠦᠭᠡᠢ ᠲᠥᠷᠥᠯ ᠵᠦᠢᠯ᠄ ᠳᠤᠲᠠᠭᠤ ᠠᠽᠣᠲ ᠬᠦᠴᠢᠯ ᠤᠨ ᠳᠠᠪᠤᠰᠤ ︵ᠳᠤᠲᠠᠭᠤ ᠠᠽᠣᠲ ᠬᠦᠴᠢᠯ ᠤᠨ ᠨᠠᠳ᠋ᠷᠢ ᠬᠡᠮᠵᠢᠭᠦᠷ︶᠂ ᠰᠢᠯᠭᠠᠨ ᠪᠠᠶᠢᠴᠠᠭᠠᠬᠤ ᠪᠠᠶᠢᠭᠤᠯᠤᠮᠵᠢ᠄ ᠪᠠᠶᠠᠨᠨᠠᠭᠤᠷ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠪ᠃ ᠬᠤᠶᠠᠷ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ      2025 ᠣᠨ ᠤ 1 ᠰᠠᠷ᠎ᠠ ᠶᠢᠨ 20 ᠤ ᠡᠳᠦᠷ᠂ ᠬᠠᠩᠭᠢᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠬᠢᠷᠢ ᠲᠡᠩᠴᠡᠭᠰᠡᠨ ᠦᠭᠡᠢ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠩᠭᠢᠨ ᠬᠤᠶᠢᠲᠤ ᠬᠤᠰᠢᠭᠤᠨ ᠤ ᠢᠦᠢ ᠱᠧᠩ ᠤᠨ ᠳᠠᠶᠢᠯᠠᠯᠭ᠎ᠠ ᠶᠢᠨ ᠬᠤᠲᠠ ᠳᠤ ᠬᠦᠷᠭᠡᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠲᠣᠰ ᠳᠠᠶᠢᠯᠠᠯᠭ᠎ᠠ ᠶᠢᠨ ᠬᠤᠲᠠ ᠶᠢᠨ ᠴᠢᠨᠠᠭᠰᠠᠨ ᠮᠢᠬ᠎ᠠ ᠶᠢ ᠣᠯᠠᠨ ᠡᠳᠦᠷ ᠬᠡᠷᠡᠭᠯᠡᠭᠰᠡᠨ ᠦᠭᠡᠢ᠂ ᠲᠣᠭᠲᠠᠭᠰᠠᠨ ᠬᠠᠮᠠᠭᠠᠯᠠᠭᠴᠢ ᠦᠭᠡᠢ ᠪᠠᠶᠢᠬᠤ ᠶᠢ ᠣᠯᠵᠤ ᠮᠡᠳᠡᠪᠡ᠃ ᠲᠤᠰ ᠳᠠᠶᠢᠯᠠᠯᠭ᠎ᠠ ᠶᠢᠨ ᠬᠤᠲᠠ ᠶᠢᠨ ᠥᠪᠡᠷ ᠢᠶᠠᠨ ᠵᠣᠬᠢᠶᠠᠭᠰᠠᠨ ᠵᠢᠶᠠᠩ ᠶᠠ ᠶᠠ ᠪᠠ ᠶᠠ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠨᠢ ︽ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ ᠢᠳᠡᠭᠡᠨ ᠤ ᠨᠡᠮᠡᠯᠲᠡ ᠡᠳ᠋ ᠳᠤᠲᠠᠭᠤ ᠠᠽᠣᠲ ᠬᠦᠴᠢᠯ ᠤᠨ ᠳᠠᠪᠤᠰᠤ ᠬᠤᠳᠠᠯᠳᠤᠨ ᠠᠪᠬᠤ᠂ ᠬᠠᠳᠠᠭᠠᠯᠠᠬᠤ᠂ ᠬᠡᠷᠡᠭᠯᠡᠬᠦ ᠶᠢ ᠴᠠᠭᠠᠵᠠᠯᠠᠬᠤ ᠲᠤᠬᠠᠢ ᠠᠯᠪᠠᠨ ᠵᠠᠷ︾ ︵2012 ᠣᠨ ᠤ 10 ᠳ᠋ᠤᠭᠠᠷ ᠲᠣᠭᠠᠲᠤ︶ ᠤᠨ ᠦᠢᠯᠡ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ︵ᠠᠷᠪᠠᠨ ᠭᠤᠷᠪᠠ︶ ᠳ᠋ᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ︵ᠨᠢᠭᠡ︶ ᠳ᠋ᠦ᠋ᠭᠡᠷ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠵᠠᠰᠠᠭ ᠵᠠᠬᠢᠷᠭᠠᠨ ᠤ ᠰᠢᠢᠳᠬᠡᠯ ᠢᠶᠠᠷ ᠯᠠᠪᠯᠠᠯᠲᠠ ᠪᠣᠯᠭᠠᠪᠠ᠃       ᠭᠤᠷᠪᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ ᠬᠠᠩᠭᠢᠨ ᠬᠤᠶᠢᠲᠤ ᠬᠤᠰᠢᠭᠤᠨ ᠤ ᠢᠦᠢ ᠱᠧᠨ ᠳᠠᠶᠢᠯᠠᠯᠭ᠎ᠠ ᠶᠢᠨ ᠬᠤᠲᠠ ᠨᠢᠭᠡᠨᠲᠡ ᠮᠠᠨ ᠤ ᠲᠣᠪᠴᠢᠶ᠎ᠠ ᠳᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠲᠤᠰᠢᠶᠠᠵᠠᠢ᠂ ᠮᠠᠨ ᠤ ᠲᠣᠪᠴᠢᠶ᠎ᠠ 2025 ᠣᠨ ᠤ 3 ᠰᠠᠷ᠎ᠠ ᠶᠢᠨ 11 ᠤ ᠡᠳᠦᠷ ᠲᠡᠭᠦᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠪᠠ᠃ ᠲᠤᠰ ᠳᠠᠶᠢᠯᠠᠯᠭ᠎ᠠ ᠶᠢᠨ ᠬᠤᠲᠠ ᠶᠢ ᠨᠢᠭᠡᠨᠲᠡ ᠴᠡᠭᠴᠡᠯᠡᠨ ᠵᠠᠰᠠᠵᠤ ᠳᠠᠭᠤᠰᠤᠭᠠᠳ᠂ ᠣᠯᠠᠨ ᠡᠳᠦᠷ ᠬᠡᠷᠡᠭᠯᠡᠭᠰᠡᠨ ᠰᠢᠭᠦᠰᠦ ᠶᠢ ᠴᠥᠮ ᠰᠣᠯᠢᠵᠤ᠂ ᠰᠢᠲᠠᠭᠠᠭᠰᠠᠨ ᠮᠢᠬᠠᠨ ᠳᠤ ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠵᠤ᠂ ᠳᠠᠬᠢᠨ ᠪᠠᠶᠢᠴᠠᠭᠠᠯᠲᠠ ᠬᠢᠬᠦ ᠳᠤ ᠴᠥᠮ ᠬᠢᠷᠢ ᠲᠡᠩᠴᠡᠭᠰᠡᠨ ᠪᠠᠶᠢᠨ᠎ᠠ᠃                                    ᠬᠠᠩᠭᠢᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                                   2025 ᠣᠨ ᠤ 4 ᠰᠠᠷ᠎ᠠ ᠶᠢᠨ 1 ᠤ ᠡᠳᠦᠷ     
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ