ᠲᠥᠪ ᠲᠧᠯᠸᠢᠰ ᠬᠤᠷᠢᠶᠠᠨ ᠤ ᠬᠢᠨ ᠬᠠᠩᠭᠢᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠰᠦᠯᠢᠶᠣᠣ ᠪᠦᠷᠬᠦᠪᠴᠢ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠰᠤᠷᠪᠤᠯᠵᠢᠯᠠᠪᠠ
ᠨᠡᠶᠢᠲᠡᠯᠡᠭᠰᠡᠨ ᠴᠠᠭ᠄
2025/4/20
      4 ᠰᠠᠷ᠎ᠠ ᠶᠢᠨ 15 - 16 ᠤ ᠡᠳᠦᠷ᠂ ᠲᠥᠪ ᠤᠨ ᠷᠠᠳᠢᠣ᠋ ᠲᠧᠯᠸᠢᠰ ᠬᠤᠷᠢᠶᠠᠨ ᠤ ᠥᠪᠥᠷ ᠮᠣᠩᠭᠤᠯ ᠤᠨ ᠶᠡᠷᠦᠩᠬᠡᠶ ᠥᠷᠲᠡᠭᠡ ᠶᠢᠨ ᠰᠤᠷᠪᠤᠯᠵᠢᠯᠠᠭᠴᠢ ᠬᠠᠩᠭᠢᠨ ᠬᠤᠶᠢᠲᠤ ᠬᠤᠰᠢᠭᠤᠨ ᠳᠤ ᠭᠦᠨᠵᠡᠭᠡᠶᠢᠷᠡᠨ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠦᠢᠯᠡᠳᠪᠦᠷᠢᠯᠡᠬᠦ᠂ ᠬᠡᠷᠡᠭᠯᠡᠬᠦ᠂ ᠡᠭᠡᠭᠦᠯᠦᠨ ᠬᠤᠷᠢᠶᠠᠬᠤ ᠵᠢᠴᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠪᠥᠬᠦ ᠬᠡᠯᠬᠢᠶ᠎ᠡ ᠶᠢᠨ ᠲᠣᠭᠤᠷᠢᠨ ᠳᠤ ᠲᠤᠰᠬᠠᠶ ᠰᠡᠳᠦᠪᠲᠦ ᠰᠤᠷᠪᠤᠯᠵᠢᠯᠠᠭ᠎ᠠ ᠥᠷᠨᠢᠭᠦᠯᠵᠦ᠂ ᠮᠠᠨ ᠤ ᠬᠤᠰᠢᠭᠤᠨ ᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠵᠠᠰᠠᠬᠤ ᠰᠢᠨ᠎ᠡ ᠶᠢ ᠡᠭᠦᠳᠬᠦ ᠦᠢᠯᠡᠳᠦᠯᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠰᠤᠷᠪᠤᠯᠵᠢᠯᠠᠪᠠ᠃      ᠰᠤᠷᠪᠤᠯᠵᠢᠯᠠᠬᠤ ᠳᠤᠭᠤᠶᠢᠯᠠᠩ ᠤᠷᠢᠳ ᠬᠤᠵᠢᠳ ᠱᠠᠮᠪᠠ ᠪᠠᠯᠭᠠᠰᠤᠨ ᠤ ᠵᠠᠩ ᠹᠠᠩ ᠲᠣᠰᠬᠤᠨ᠂ ᠪᠠᠶᠠᠨᠨᠠᠭᠤᠷ ᠤᠨ ᠴᠤᠸᠠᠨ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠶᠢᠨ ᠬᠢᠵᠠᠭᠠᠷᠲᠤ ᠺᠣᠮᠫᠠᠨᠢ᠂ ᠱᠤᠸᠠᠩ ᠮᠢᠶᠣᠣ ᠪᠠᠯᠭᠠᠰᠤᠨ ᠤ ᠡᠦ ᠢ ᠲᠣᠰᠬᠤᠨ ᠵᠡᠷᠭᠡ ᠰᠤᠷᠪᠤᠯᠵᠢᠯᠠᠬᠤ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃
采访1.png
      ᠱᠠᠮᠪᠠ ᠪᠠᠯᠭᠠᠰᠤᠨ ᠤ ᠵᠠᠩ ᠹᠠᠩ ᠲᠣᠰᠬᠤᠨ ᠤ ᠲᠠᠷᠢᠶᠠᠨ ᠭᠠᠵᠠᠷ ᠲᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠮᠠᠰᠢᠨ ᠮᠧᠬᠠᠨᠢᠭ ᠶᠠᠭ ᠬᠦᠩᠭᠢᠨᠡᠵᠦ᠂ ᠭᠤᠤᠷᠰᠤ ᠶᠢ ᠬᠠᠭᠠᠯᠵᠤ ᠪᠦᠷᠬᠦᠪᠴᠢ᠂ ᠦᠯᠡᠳᠡᠭᠳᠡᠯ ᠪᠦᠷᠬᠦᠪᠴᠢ ᠶᠢ ᠰᠠᠯᠭᠠᠬᠤ ᠵᠡᠷᠭᠡ ᠠᠵᠢᠯ ᠢ ᠨᠢᠭᠡ ᠤᠳᠠᠭ᠎ᠠ ᠶᠢᠨ ᠴᠢᠨᠠᠷᠲᠠᠢ ᠪᠠᠷ ᠪᠡᠶᠡᠯᠡᠭᠦᠯᠵᠦ ᠪᠠᠶᠢᠨ᠎ᠠ᠃ ᠰᠤᠷᠪᠤᠯᠵᠢᠯᠠᠭᠴᠢ ᠳ᠋ᠠ ᠪᠦᠸᠧ ᠲᠠᠷᠢᠶᠠᠯᠠᠩ ᠤᠨ ᠮᠠᠰᠢᠨ ᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠪᠣᠭᠤᠳᠠᠯᠯᠠᠬᠤ ᠨᠢᠭᠡ ᠴᠣᠭᠴᠠᠲᠤ ᠮᠠᠰᠢᠨ ᠤ ᠠᠵᠢᠯᠯᠠᠬᠤ ᠤᠭ ᠶᠣᠰᠣ᠂ ᠤᠯᠠᠨ ᠤᠳᠠᠭ᠎ᠠ ᠬᠠᠯᠠᠨ ᠰᠠᠶᠢᠵᠢᠷᠠᠭᠤᠯᠤᠭᠰᠠᠨ ᠲᠤᠭ᠎ᠠ ᠪᠠᠷᠢᠮᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠲᠠᠯᠠᠪᠤᠷ ᠤᠨ ᠮᠡᠷᠭᠡᠵᠢᠯᠲᠡᠨ ᠦᠯᠡᠳᠡᠭᠳᠡᠯ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠠᠵᠢᠯ ᠢ ᠵᠡᠷᠭᠡᠪᠡᠷ ᠥᠷᠨᠢᠭᠦᠯᠵᠦ᠂ ᠲᠤᠭ᠎ᠠ ᠪᠠᠷᠢᠮᠲᠠ ᠠᠴᠠ ᠦᠵᠡᠪᠡᠯ᠂ ︽2231︾ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠠᠷᠭ᠎ᠠ ᠪᠠᠷ ᠳᠠᠮᠵᠢᠭᠤᠯᠤᠨ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠶᠢ 85% ᠠᠴᠠ ᠳᠡᠭᠡᠭᠰᠢ ᠲᠣᠭᠲᠠᠭᠤᠨ ᠢᠶᠠᠷ ᠪᠠᠲᠤᠯᠠᠬᠤ ᠬᠠᠷᠠᠯᠲᠠ ᠶᠢ ᠪᠡᠶᠡᠯᠡᠭᠦᠯᠵᠦ᠂ ᠥᠩᠭᠡᠷᠡᠭᠰᠡᠨ ᠵᠢᠯ ᠤᠳ ᠠᠴᠠ ᠢᠯᠡᠳᠲᠡ ᠳᠡᠭᠡᠭᠰᠢᠯᠡᠪᠡ᠃ ᠰᠤᠷᠪᠤᠯᠵᠢᠯᠠᠭᠴᠢ ᠪᠠᠰᠠ ᠱᠤᠸᠠᠩ ᠮᠢᠶᠣᠣ ᠪᠠᠯᠭᠠᠰᠤᠨ ᠤ ᠡᠦ ᠢ ᠲᠣᠰᠬᠤᠨ ᠳᠤ ᠬᠦᠷᠴᠦ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠰᠦᠯᠢᠶᠣᠣ ᠪᠦᠷᠬᠦᠪᠴᠢ ᠪᠦᠷᠬᠦᠭᠰᠡᠨ ᠪᠠᠶᠢᠳᠠᠯ ᠢ ᠰᠡᠭᠦᠳᠡᠷᠯᠡᠪᠡ᠃      ᠰᠤᠷᠪᠤᠯᠵᠢᠯᠠᠭᠴᠢ ᠪᠠᠰᠠ ᠪᠠᠶᠠᠨᠨᠠᠭᠤᠷ ᠤᠨ ᠴᠤᠸᠠᠨ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠢᠯᠭᠠᠬᠤ᠂ ᠰᠢᠲᠠᠭᠠᠵᠤ ᠴᠠᠬᠢᠯᠭᠠᠨ ᠭᠠᠷᠭᠠᠬᠤ ᠵᠡᠷᠭᠡ ᠠᠵᠢᠯ ᠤᠨ ᠳᠠᠷᠠᠭᠠᠯᠠᠯ ᠢ ᠨᠠᠷᠢᠨ ᠣᠶᠢᠯᠠᠭᠠᠪᠠ᠃ ᠰᠤᠷᠪᠤᠯᠵᠢᠯᠠᠬᠤ ᠳᠤᠮᠳᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠦᠯᠡᠳᠡᠭᠳᠡᠯ ᠬᠠᠯᠢᠰᠤ ᠶᠢ ᠰᠢᠲᠠᠭᠠᠵᠤ ᠴᠠᠬᠢᠯᠭᠠᠨ ᠭᠠᠷᠭᠠᠬᠤ ᠶᠢ ᠲᠠᠨᠢᠯᠴᠠᠭᠤᠯᠵᠤ᠂ ᠵᠠᠰᠠᠭ ᠤᠨ ᠣᠷᠳᠣᠨ᠂ ᠴᠤᠸᠠᠨ ᠨᠧᠩ ᠺᠣᠮᠫᠠᠨᠢ ᠲᠠᠷᠢᠶᠠᠴᠢᠨ ᠡᠷᠦᠬᠡ ᠳᠤ ᠨᠥᠬᠦᠪᠥᠷᠢ ᠥᠭᠴᠦ ᠡᠭᠡᠭᠦᠯᠦᠨ ᠬᠤᠷᠢᠶᠠᠬᠤ ᠵᠠᠭᠪᠤᠷ ᠨᠢ ︽ᠴᠠᠭᠠᠨ ᠪᠣᠬᠢᠷᠲᠤᠯ︾ ᠢ ᠰᠢᠢᠳᠪᠦᠷᠢᠯᠡᠭᠰᠡᠨ ᠮᠥᠷᠲᠡᠭᠡᠨ ᠪᠠᠰᠠ ᠴᠡᠪᠡᠷ ᠡᠨᠧᠷᠭᠢ ᠳᠤ ᠲᠦᠭᠦᠬᠡᠶ ᠮᠠᠲ᠋ᠧᠷᠢᠶᠠᠯ ᠬᠠᠩᠭᠠᠵᠤ᠂ ᠠᠮᠢ ᠠᠬᠤᠶ ᠬᠢᠭᠡᠳ ᠠᠵᠤ ᠠᠬᠤᠶ ᠶᠢᠨ ᠬᠤᠤᠰ ᠠᠮᠵᠢᠯᠲᠠ ᠶᠢ ᠪᠡᠶᠡᠯᠡᠭᠦᠯᠪᠡ᠃
采访2.png
       ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠷᠭᠦᠯᠵᠢᠯᠡᠨ ᠳᠠᠭᠠᠵᠤ᠂ ᠭᠦᠨᠵᠡᠭᠡᠶ ᠮᠡᠳᠡᠭᠡᠯᠡᠵᠦ᠂ ᠡᠯ᠎ᠡ ᠱᠠᠲᠤᠨ ᠤ ᠵᠠᠭᠤᠴᠢᠯᠠᠭᠤᠷ ᠲᠠᠢ ᠢᠳᠡᠪᠬᠢᠲᠡᠶ ᠵᠣᠯᠭᠠᠭᠤᠯᠵᠤ᠂ ᠬᠠᠩᠭᠢᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠥᠷᠥ ᠶᠢᠨ ᠪᠣᠳᠣᠯᠭ᠎ᠠ ᠪᠠᠷ ᠰᠦᠯᠢᠶᠣᠣ ᠪᠦᠷᠬᠦᠪᠴᠢ ᠶᠢᠨ ᠪᠣᠬᠢᠷᠲᠤᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠮᠵᠢᠯᠲᠠ ᠲᠠᠢ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ