ᠬᠠᠪᠤᠷ ᠤᠨ ᠤᠷᠢᠬᠠᠨ ᠰᠠᠯᠬᠢ ᠳᠠᠪᠠᠯᠭᠠᠨ ᠢ ᠰᠦᠷᠦᠨ ᠤᠷᠤᠭᠰᠢᠯᠠᠵᠤ᠂ ᠰᠢᠨ᠎ᠡ ᠠᠶᠠᠨ ᠲᠡᠶᠢᠰᠢ ᠢᠳᠡᠷᠡᠬᠦᠨ ᠠᠯᠬᠤᠪᠠ᠃ 4 ᠰᠠᠷ᠎ᠠ ᠶᠢᠨ 28 ᠤ ᠡᠳᠦᠷ᠂ | ᠬᠠᠩᠭᠢᠨ ᠬᠤᠶᠢᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠬᠠᠩᠭᠢᠨ ᠬᠤᠶᠢᠲᠤ ᠬᠤᠰᠢᠭᠤᠨ ᠤ ᠠᠵᠢᠯᠴᠢᠨ ᠤ | ᠶᠡᠷᠦᠩᠬᠡᠶ ᠡᠪᠯᠡᠯ ᠬᠠᠮᠲᠤᠷᠠᠨ 2025 ᠣᠨ ᠤ ︽ᠮᠢᠩᠭᠠᠨ ᠬᠥᠮᠦᠨ ᠤ ᠢᠳᠡᠷᠡᠭᠦᠨ ᠠᠯᠬᠤᠭ᠎ᠠ︾ ᠶᠢᠨ ᠠᠵᠢᠯᠯᠠᠭ᠎ᠠ ᠶᠢ ᠡᠷᠭᠢᠯᠡᠪᠡ᠃ | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠤᠤ ᠶᠠᠨ ᠢᠦᠶ ᠪᠠᠶᠠᠷ ᠤᠨ ᠦᠭᠡ ᠬᠡᠯᠡᠵᠦ᠂ | ᠬᠤᠰᠢᠭᠤᠨ ᠤ ᠤᠳᠤᠷᠢᠳᠤᠯᠭ᠎ᠠ ᠴᠧᠨ ᠭᠦᠸᠧ ᠡᠤ᠂ ᠵᠣᠣ ᠳ᠋ᠢᠶᠠᠨ ᠹᠧᠩ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠶᠢᠨ ᠠᠬᠤᠢ ᠲᠠᠯᠠᠪᠠᠢ ᠳᠤ ᠲᠤᠭ ᠨᠠᠮᠢᠷᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃ ᠪᠥᠬᠦ ᠬᠤᠰᠢᠭᠤᠨ ᠤ ᠡᠯ᠎ᠡ ᠪᠠᠶᠢᠭᠤᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠢᠳᠡᠷᠡᠭᠦᠨ ᠠᠯᠬᠤᠬᠤ ᠬᠥᠳᠡᠯᠭᠡᠭᠡᠨ ᠤ ᠨᠡᠶᠢᠭᠡᠮᠯᠢᠭ ᠤᠨ ᠮᠢᠩᠭ᠎ᠠ ᠭᠠᠷᠤᠶ ᠺᠠᠳ᠋ᠷ ᠠᠵᠢᠯᠲᠠᠨ ᠪᠣᠯᠤᠨ ᠢᠳᠡᠷᠡᠭᠦᠨ ᠠᠯᠬᠤᠭ᠎ᠠ ᠳᠤ | ᠪᠠᠭ᠋ᠠᠲᠠᠶ ᠬᠥᠮᠦᠰ ᠪᠠᠶᠠᠷ ᠪᠠᠶᠠᠰᠬᠤᠯᠠᠩᠲᠠᠢ ᠮᠣᠷᠳᠠᠪᠠ᠃ ᠶᠠᠪᠤᠵᠤ ᠰᠠᠭᠤᠬᠤ ᠶᠠᠪᠤᠴᠠ ᠳᠤ᠂ ᠣᠯᠠᠨ ᠢᠶᠠᠷ ᠢᠶᠠᠨ ᠴᠤᠭ ᠵᠢᠪᠬᠤᠭ᠎ᠠ ᠪᠠᠳᠠᠷᠠᠩᠭᠤᠶ᠂ ᠠᠯᠬᠤᠭ᠎ᠠ ᠴᠢᠭᠢᠷᠠᠭ | ᠂ ᠬᠥᠩᠭᠡᠨ ᠠᠪᠰᠠᠷᠬᠠᠨ ᠠᠶᠢᠵᠠᠮ ᠠᠴᠠ ᠡᠴᠦᠰ ᠤᠨ ᠵᠦᠭ ᠤᠷᠤᠭᠰᠢᠯᠠᠵᠤ᠂ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠨ᠎ᠡ᠃ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠭᠰᠠᠨ ᠺᠠᠳ᠋ᠷᠴᠤᠳ᠄ ︽ᠲᠣᠰ ᠤᠳᠠᠭᠠᠨ ᠤ ᠢᠳᠡᠷᠡᠭᠦᠨ ᠠᠯᠬᠤᠭ᠎ᠠ ᠶᠢᠨ ᠬᠥᠳᠡᠯᠭᠡᠭᠡᠨ ᠨᠢ ᠪᠡᠶ᠎ᠡ ᠮᠠᠬᠠᠪᠣᠳ ᠢᠶᠠᠨ ᠪᠤᠯᠪᠠᠰᠤᠷᠠᠭᠤᠯᠵᠤ᠂ | ᠮᠥᠨ ᠴᠦ ᠰᠡᠳᠭᠢᠯ ᠰᠠᠨᠠᠭ᠎ᠠ ᠪᠠᠨ ᠪᠠᠶᠠᠰᠬᠠᠵᠤ᠂ ᠪᠢᠳᠡᠨ ᠢ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠢᠷᠡᠭᠡᠳᠦᠶ ᠶᠢᠨ ᠠᠵᠢᠯ ᠳᠠᠭᠠᠨ | ᠣᠷᠣᠯᠴᠠᠭᠤᠯᠵᠤ ᠪᠠᠶᠢᠨ᠎ᠠ︾ ᠭᠡᠵᠦ ᠠᠮᠠᠯᠠᠪᠠ᠃ | ᠲᠣᠰ ᠤᠳᠠᠭᠠᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠨᠢ ᠬᠤᠰᠢᠭᠤᠨ ᠤ ᠳᠠᠪᠤᠰᠤᠨ ᠤ ᠦᠢᠯᠡᠰ ᠤᠨ ᠺᠣᠮᠫᠠᠨᠢ ᠶᠢᠨ ᠡᠮᠦᠨ᠎ᠡ ᠲᠠᠯ᠎ᠠ ᠠᠴᠠ ᠡᠬᠢᠯᠡᠵᠦ᠂ | ᠯᠦᠩ ᠪᠦᠦ ᠵᠡᠭᠦᠨ ᠵᠡᠭᠡᠯᠢ ᠶᠢ ᠳᠠᠭᠠᠵᠤ ᠶᠠᠪᠠᠭᠠᠨ ᠢᠶᠠᠷ ᠴᠦᠨ ᠭᠤᠸᠠᠩ ᠵᠠᠮ ᠤᠨ ᠠᠭᠤᠯᠵᠠᠷ ᠲᠤ ᠬᠦᠷᠴᠦ᠂ 5 ᠺᠢᠯᠣᠮᠧᠲᠷ ᠶᠠᠪᠤᠵᠤ᠂ ᠪᠠᠷᠤᠭ 1 ᠴᠠᠭ ᠬᠡᠷᠡᠭᠰᠡᠨ᠎ᠡ | ᠃ ᠪᠦᠬᠦ ᠶᠠᠪᠤᠴᠠ ᠶᠢ ᠥᠩᠭᠡᠷᠡᠭᠡᠭᠰᠡᠨ ᠺᠠᠳ᠋ᠷ ᠵᠢᠶᠠ ᠴᠦᠨ ᠰᠢᠶᠤᠤ᠄ ︽2025 ᠣᠨ ᠪᠣᠯ ︿ᠪᠥᠬᠦ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ | ᠣᠨ﹀ ᠮᠥᠨ᠂ ᠢᠳᠡᠷᠡᠭᠦᠨ ᠠᠯᠬᠤᠭ᠎ᠠ ᠪᠣᠯ ᠣᠯᠠᠨ ᠲᠦᠮᠡᠨ ᠳᠤ ᠮᠠᠰᠢ ᠳᠣᠭᠢᠷᠠᠬᠤ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠮᠥᠨ᠂ | ᠪᠢᠳᠡᠨ ᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ ᠴᠢᠳᠠᠬᠤ ᠪᠠᠷ ᠪᠠᠷᠠᠬᠤ ᠥᠬᠡᠶ᠂ ᠪᠠᠰᠠ ᠢᠲᠡᠭᠡᠯ ᠵᠣᠷᠢᠭ ᠢᠶᠠᠨ ᠬᠥᠪᠴᠢᠯᠡᠵᠦ᠂ ᠨᠠᠩ ᠣᠯᠠᠨ ᠬᠥᠮᠦᠨ ᠪᠡᠶ᠎ᠡ | ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠡᠩᠨᠡᠭᠡᠨ ᠳᠤ ᠣᠷᠣᠯᠴᠠᠬᠤ ᠶᠢ ᠬᠦᠰᠡᠵᠦ ᠪᠠᠶᠢᠨ᠎ᠠ︾ ᠭᠡᠵᠡᠶ᠃ | | | ᠡᠨᠡ ᠵᠢᠯ᠂ ᠬᠠᠩᠭᠢᠨ ᠬᠤᠶᠢᠲᠤ ᠬᠤᠰᠢᠭᠤᠨ ᠤ ᠬᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ | ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠤᠸᠠᠨ ᠽᠢ ᠰᠣᠪᠠᠭ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠱᠠ ᠬᠠᠶ ᠪᠠᠯᠭᠠᠰᠤᠨ ᠤ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠬᠤ ᠦᠢᠯᠡᠴᠢᠯᠡᠭᠡ ᠶᠢ ᠳᠡᠯᠭᠡᠷᠡᠭᠦᠯᠵᠦ᠂ ᠨᠠᠩ ᠣᠯᠠᠨ ︽ᠪᠡᠶ᠎ᠡ ᠴᠢᠭᠢᠷᠠᠭᠵᠢᠭᠤᠯᠬᠤ ᠲᠣᠭᠤᠷᠢᠭ︾ ︽ᠠᠮᠢᠵᠢᠷᠠᠯ ᠤᠨ ᠬᠦᠴᠦᠨ ᠤ | ᠴᠡᠭ︾ ᠢ ᠪᠣᠶ ᠪᠣᠯᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠨᠡᠮᠡᠷᠢᠯᠡᠨ᠎ᠡ᠃ | | |