ᠮᠧᠩ ᠬᠠᠶ ᠪᠠᠯᠭᠠᠰᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠢᠴᠢ ᠣᠶ ᠰᠢᠭᠤᠶ ᠡᠪᠡᠰᠦ ᠪᠡᠯᠴᠢᠭᠡᠷ ᠤᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠵᠤ ᠨᠥᠬᠦᠵᠦ ᠳᠠᠷᠢᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/3
      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠪᠠ ᠨᠥᠬᠦᠵᠦ ᠳᠠᠷᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 3 ᠤ ᠡᠳᠦᠷ᠂ ᠮᠧᠩ ᠬᠠᠶ ᠪᠠᠯᠭᠠᠰᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠢᠴᠢ ᠣᠶ ᠰᠢᠭᠤᠶ ᠡᠪᠡᠰᠦ ᠪᠡᠯᠴᠢᠭᠡᠷ ᠤᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠵᠤ ᠨᠥᠬᠦᠵᠦ ᠳᠠᠷᠢᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃
微信截图_20250403163317.png
      ᠬᠤᠷᠠᠯ ᠳᠤ ᠣᠷᠣᠯᠴᠠᠭᠰᠠᠳ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠹᠢᠯᠢᠮ ᠳᠤ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠦᠨᠳᠦ ᠨᠣᠴᠢᠲᠠᠶ ᠦᠷ᠎ᠡ ᠳ᠋ᠦᠩ ᠢ ᠭᠦᠨᠵᠡᠭᠡᠶ ᠵᠠᠳᠠᠯᠵᠤ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠶ᠃
微信截图_20250403163328.png
      ᠬᠤᠷᠠᠯ ᠳᠡᠭᠡᠷ᠎ᠡ᠂ ᠬᠤᠰᠢᠭᠤᠨ ᠤ ᠣᠶ ᠰᠢᠭᠤᠶ ᠶᠢᠨ ᠠᠵᠤ ᠦᠢᠯᠡᠳᠪᠦᠷᠢ ᠶᠢᠨ ᠥᠷᠲᠡᠭᠡ ᠶᠢᠨ ᠳᠠᠷᠤᠭ᠎ᠠ ᠵᠠᠩ ᠯᠢ ᠵᠢᠶᠦ᠋ᠨ ᠵᠡᠷᠭᠡ ᠬᠥᠮᠦᠰ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠪᠠ ᠨᠥᠬᠦᠵᠦ ᠳᠠᠷᠢᠬᠤ ᠠᠵᠢᠯ ᠤᠨ ᠲᠣᠭᠤᠷᠢᠨ ᠳᠤ ᠪᠣᠳᠠᠲᠠᠶ ᠱᠠᠭᠠᠷᠳᠠᠯᠭ᠎ᠠ ᠳᠤᠷᠠᠳᠪᠠ ᠄ ᠨᠢᠭᠡ ᠳᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠠᠳᠬᠤᠪᠠ᠃ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠣᠬᠢᠷᠠᠮᠵᠢᠲᠠᠶ ᠭᠠᠵᠠᠷ ᠲᠤ ᠲᠤᠬᠢᠷᠠᠮᠵᠢᠲᠠᠢ ᠮᠣᠳᠣ ᠲᠠᠷᠢᠬᠤ︾ ᠵᠠᠷᠴᠢᠮ ᠶᠣᠰᠣᠭᠠᠷ᠂ ᠴᠢᠬᠢ ᠮᠣᠳᠣᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠨᠥᠬᠦᠵᠦ ᠲᠠᠷᠢᠬᠤ ᠨᠣᠷᠮ᠎ᠠ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠎ᠠ᠃ ᠣᠶᠢᠵᠢᠭᠤᠯᠬᠤ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ 4 ᠰᠠᠷ᠎ᠠ ᠶᠢᠨ 20 ᠤ ᠡᠳᠦᠷ ᠠᠴᠠ ᠡᠮᠦᠨ᠎ᠡ ᠨᠥᠬᠦᠵᠦ ᠳᠠᠷᠢᠬᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
微信截图_20250403163341.png
      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠵᠧᠩ ᠪᠥᠬᠦ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠪᠠ ᠨᠥᠬᠦᠵᠦ ᠳᠠᠷᠢᠬᠤ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠢᠳᠡ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠪᠠᠲᠤ ᠴᠢᠩᠭ᠎ᠠ ᠠᠳᠬᠤᠵᠤ᠂ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ᠃ ᠬᠤᠶᠠᠷ ᠲᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠤᠨ ᠵᠢᠷᠤᠭ ᠳᠦᠷᠰᠦ ᠳᠤ ᠴᠢᠭᠯᠡᠭᠦᠯᠦᠨ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠬᠦᠴᠦᠨ ᠦᠭᠡᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠵᠡᠷᠭᠡᠪᠡᠷ ᠪᠠᠶᠢᠭᠤᠯᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠎ᠡ᠃ ᠭᠤᠷᠪᠠ ᠳᠤ᠂ ᠬᠠᠷᠢᠯᠴᠠᠨ ᠬᠠᠮᠲᠤ ᠳᠤ ᠨᠢ ᠬᠠᠷᠠᠭᠠᠯᠵᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ ᠲᠠᠷᠢᠶᠠᠴᠢᠨ ᠡᠷᠦᠬᠡ ᠪᠠᠯᠭᠠᠰᠤᠨ ᠤ ᠣᠶ ᠰᠢᠭᠤᠶ ᠶᠢᠨ ᠠᠵᠤ ᠦᠢᠯᠡᠳᠪᠦᠷᠢ ᠶᠢᠨ ᠥᠷᠲᠡᠭᠡ ᠬᠢᠭᠡᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯ ᠳᠤ ᠢᠳᠡᠪᠬᠢᠲᠡᠶ ᠬᠠᠮᠵᠢᠯᠴᠠᠵᠤ᠂ ᠣᠶ ᠰᠢᠭᠤᠶ ᠶᠢᠨ ᠠᠵᠤ ᠦᠢᠯᠡᠳᠪᠦᠷᠢ ᠶᠢᠨ ᠥᠷᠲᠡᠭᠡ ᠨᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠᠨ ᠦᠷᠭᠦᠯᠵᠢᠯᠡᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠪᠠ ᠨᠥᠬᠦᠵᠦ ᠳᠠᠷᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃            
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ