ᠪᠠᠯᠭᠠᠰᠤ ᠲᠣᠰᠬᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠱᠠ ᠬᠠᠢ ᠪᠠᠯᠭᠠᠰᠤ ︽ᠪᠦᠬᠦ ᠣᠷᠣᠨ ᠪᠦᠰᠡ ᠪᠠᠷ ᠴᠡᠭᠴᠡᠯᠡᠨ ᠵᠠᠰᠠᠵᠤ᠂ ᠪᠦᠬᠦ ᠠᠷᠠᠳ ᠢᠶᠠᠷ ᠢᠶᠠᠨ | ᠣᠷᠣᠯᠴᠠᠬᠤ︾ ᠪᠠᠷ ᠬᠠᠷᠠᠯᠲᠠ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠵᠤ᠂ ᠪᠠᠯᠭᠠᠰᠤᠨ ᠤ ᠳᠦᠷᠰᠦ | ᠪᠠᠶᠢᠳᠠᠯ ᠤᠨ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠠᠬᠢᠭᠤᠯᠪᠠ᠃ | ᠨᠢᠭᠡ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ ᠶᠢᠨ ᠪᠣᠭᠤᠮᠲᠠ ᠰᠢᠪᠲᠤᠯᠬᠤ | ︽ᠪᠤᠵᠠᠷ ᠢ ᠠᠷᠢᠯᠭᠠᠬᠤ᠂ ᠡᠮᠬᠢ ᠵᠠᠮᠪᠠᠷᠠᠭ᠎ᠠ ᠦᠭᠡᠢ ᠶᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠪᠠᠷ ᠭᠤᠣᠯ ᠰᠢᠵᠢᠮ ᠪᠣᠯᠭᠠᠵᠤ᠂ | ᠬᠦᠴᠦᠨ ᠢᠶᠠᠨ ᠲᠥᠪᠯᠡᠷᠡᠭᠦᠯᠦᠨ ᠵᠠᠰᠠᠮᠠᠯ ᠵᠠᠮ ᠳᠠᠭᠠᠤ᠂ ᠭᠤᠣᠯ ᠤᠨ ᠵᠠᠮ ᠭᠤᠤ ᠰᠤᠪᠠᠭ ᠵᠡᠷᠭᠡ ᠣᠷᠣᠨ ᠪᠦᠰᠡ ᠳᠤ ︽ᠲᠣᠣᠷ ᠲᠠᠲᠠᠬᠤ ᠮᠠᠶ᠋ᠢᠭ︾ ᠢ ᠴᠡᠪᠡᠷᠯᠡᠨ | ᠠᠷᠢᠯᠭᠠᠨ᠎ᠠ᠃ ᠲᠦᠯᠡᠭᠡ ᠡᠪᠡᠰᠦ ᠪᠣᠳᠠᠰ ᠢ ᠣᠪᠣᠭᠠᠯᠠᠵᠤ ᠲᠠᠯᠪᠢᠬᠤ ᠶᠢ ᠭᠤᠣᠯᠳᠠᠯᠭ᠎ᠠ ᠲᠠᠢ ᠵᠢᠷᠤᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ | ᠪᠣᠳᠠᠰ ᠢ ᠴᠡᠭᠴᠡᠯᠡᠨ ᠵᠠᠰᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃ | ᠭᠤᠷᠪᠠ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠵᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ | ︽ᠬᠢᠨᠠᠨ ᠵᠢᠯᠣᠭᠤᠳᠴᠤ ᠬᠢᠨᠠᠨ ᠰᠢᠯᠭᠠᠬᠤ︾ ᠲᠣᠭᠲᠠᠴᠠ ᠶᠢ ᠪᠦᠷᠢᠨᠰᠢᠬᠦᠯᠵᠦ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠪᠠ᠃ ᠲᠣᠰᠬᠤᠨ ᠤ ᠲᠦᠷᠢᠮ ᠠᠷᠠᠳ ᠤᠨ ᠭᠡᠷ᠎ᠡ ᠶᠢ ᠵᠡᠷᠭᠡᠪᠡᠷ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ︽ | ᠨᠢᠭᠡ ᠴᠠᠭ ᠰᠠᠶᠢᠬᠠᠨ︾ ᠪᠠᠶᠢᠭᠰᠠᠨ ᠠᠴᠠ ︽ᠤᠷᠳᠤ ᠬᠤᠭᠤᠴᠠᠭᠠᠨ ᠤ ᠰᠠᠶᠢᠬᠠᠨ︾ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ᠳᠥᠷᠪᠡ᠂ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠮᠠᠭᠲᠠᠨ ᠰᠠᠶᠢᠰᠢᠶᠠᠵᠤ ᠪᠠᠶᠢᠨ᠎ᠠ | ᠣᠳᠣᠬᠠᠨ ᠳᠤ᠂ ᠪᠥᠬᠦ ᠪᠠᠯᠭᠠᠰᠤᠨ ᠤ ᠭᠤᠤᠯ ᠵᠠᠮ ᠤᠨ ᠬᠤᠭ ᠨᠣᠪᠰᠢ ᠶᠢ ︽ᠡᠳᠦᠷ ᠤᠨ ᠭᠠᠷᠤᠯᠲᠠ ᠶᠢ ᠡᠳᠦᠷ ᠲᠤ ᠠᠷᠢᠯᠭᠠᠬᠤ︾ ᠶᠢ ᠪᠡᠶᠡᠯᠡᠭᠦᠯᠵᠦ᠂ | ᠵᠡᠭᠡᠯᠢ ᠳᠡᠭᠡᠷᠡᠬᠢ ᠡᠮᠬᠢ ᠳᠢᠭᠯᠢᠮ ᠢ ᠢᠯᠡᠳᠲᠡ ᠰᠠᠶᠢᠵᠢᠷᠠᠭᠤᠯᠵᠤ᠂ ᠲᠣᠰᠬᠤᠨ ᠤ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠱᠠ ᠬᠠᠢ ᠪᠠᠯᠭᠠᠰᠤ ᠶᠢᠨ ᠬᠢᠨ ︽ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ︾ ᠬᠠᠷᠠᠯᠲᠠ ᠶᠢᠨ ᠲᠣᠭᠤᠷᠢᠨ ᠳᠤ᠂ | ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ︽ᠵᠣᠭᠰᠣᠴᠠ ᠲᠡᠮᠳᠡᠭ︾ ᠪᠠᠶᠢᠬᠤ ᠦᠭᠡᠢ᠂ ᠱᠠ ᠬᠠᠢ ᠪᠠᠯᠭᠠᠰᠤ ᠯᠠᠪᠳᠠᠭᠤᠨ ᠪᠠᠲᠤᠲᠠᠢ | ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠪᠢᠴᠢᠭᠯᠡᠵᠦ᠂ ᠤᠯᠠᠨ ᠲᠦᠮᠡᠨ ᠳᠤ ︽ᠭᠡᠷ ᠤᠨ ᠡᠭᠦᠳᠡᠨ ᠳᠠᠬᠢ | ᠵᠣᠯ ᠵᠢᠷᠭᠠᠯ︾ ᠢ ᠦᠨᠡᠨ ᠬᠦ ᠮᠡᠳᠡᠷᠡᠭᠦᠯᠵᠦ ᠪᠠᠶᠢᠨ᠎ᠠ᠃ | | | |