ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ | ᠡᠮᠦᠨ᠎ᠡ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ | ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠬᠠᠷᠢᠯᠴᠠᠭ᠎ᠠ ᠪᠣᠯᠣᠨ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ | ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠶᠢ ᠠᠭᠢᠭᠤᠯᠤᠨ᠎ᠠ︔ ᠳᠡᠯᠡᠬᠡᠢ ᠶᠢᠨ ᠬᠤᠶᠠᠳᠤᠭᠠᠷ | ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ | ᠪᠠᠶᠢᠷᠢ ᠰᠠᠭᠤᠷᠢ ᠶᠢ ᠬᠠᠮᠠᠭᠠᠯᠠᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠫᠦᠲ᠋ᠢᠨ ᠵᠤᠷᠵ ᠶᠡᠭᠡ ᠲᠢᠩᠬᠢᠮ ᠳᠤ | ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | 5 ᠰᠠᠷ᠎ᠠ ᠶᠢᠨ ᠮᠣᠰᠺᠸᠠ ᠶᠢᠨ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠺᠷᠧᠮᠯᠢ ᠣᠷᠳᠣᠨ ᠤ | ᠺᠣᠮᠠᠨᠳ᠋ᠯᠠᠭᠴᠢ ᠲᠡᠷᠭᠡᠨ ᠠᠴᠠ ᠪᠠᠭᠤᠬᠤ ᠭᠠᠵᠠᠷ ᠲᠤ ᠤᠭᠲᠤᠨ ᠠᠪᠤᠪᠠ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ | ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠤᠭ᠎ᠠ ᠶᠢᠨ ᠳᠤᠮᠳᠠᠳᠤ ᠤᠯᠤᠰ ᠤᠨ ᠠᠷᠠᠳ ᠲᠦᠮᠡᠨ ᠤ | ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠪᠣᠯᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ | ᠭᠠᠷ ᠤᠨ ᠦᠰᠦᠭ ᠵᠢᠷᠤᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠲᠥᠪ ᠶᠡᠬᠡᠮᠰᠦᠭ ᠵᠣᠴᠢᠨ ᠤᠭᠲᠤᠬᠤ | ᠬᠥᠭᠵᠢᠮ ᠤᠨ ᠠᠶᠠᠰ ᠳᠤᠮᠳᠠ ᠰᠢ ᠶᠢᠨ ᠫᠢᠩ ᠪᠣᠯᠣᠨ ᠫᠦᠲ᠋ᠢᠨ ᠲᠣᠰ ᠲᠤᠰ ᠵᠤᠷᠵ ᠶᠡᠭᠡ ᠲᠢᠩᠬᠢᠮ ᠤᠨ ᠬᠤᠶᠠᠷ ᠲᠠᠯ᠎ᠠ ᠪᠠᠷ ᠤᠯᠠᠭᠠᠨ ᠬᠡᠪᠢᠰ ᠤᠨ ᠳᠡᠭᠡᠭᠦᠷ | ᠢᠳᠡᠷᠡᠭᠦᠨ ᠠᠯᠬᠤᠭ᠎ᠠ ᠪᠠᠷ ᠠᠯᠬᠤᠯᠠᠨ ᠶᠡᠭᠡ ᠲᠢᠩᠬᠢᠮ ᠤᠨ ᠭᠤᠣᠯ ᠳᠤ ᠬᠦᠷᠴᠦ᠂ ᠳᠣᠲᠣᠨᠣ ᠪᠠᠷ ᠭᠠᠷ ᠠᠳᠬᠤᠨ ᠬᠠᠮᠲᠤ ᠭᠡᠷᠡᠯ ᠵᠢᠷᠤᠭ ᠲᠠᠲᠠᠭᠤᠯᠪᠠ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠤᠶᠠᠷ ᠤᠯᠤᠰ ᠤᠨ ᠲᠡᠷᠢᠭᠦᠨ ᠪᠠᠭ᠎ᠠ | ᠬᠡᠪᠴᠢᠶᠡᠨ ᠤ ᠬᠡᠯᠡᠯᠴᠡᠭᠡ ᠬᠢᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ᠂ ᠶᠡᠭᠡ ᠬᠡᠪᠴᠢᠶᠡᠨ ᠤ ᠬᠡᠯᠡᠯᠴᠡᠭᠡ ᠬᠢᠪᠡ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ | ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠣᠷᠪᠤᠯᠵᠢᠯᠠᠬᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ ᠣᠶᠢᠷ᠎ᠠ ᠶᠢᠨ ᠵᠢᠯ ᠠᠴᠠ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠤᠷᠤᠰ ᠤᠨ ᠬᠠᠷᠢᠯᠴᠠᠭ᠎ᠠ ᠲᠣᠭᠲᠠᠭᠤᠨ᠂ ᠡᠷᠡᠭᠦᠯ᠂ | ᠥᠨᠳᠥᠷ ᠲᠦᠪᠰᠢᠨ ᠪᠦᠬᠦᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠤᠷᠳᠤ ᠬᠤᠭᠤᠴᠠᠭ᠎ᠠ ᠪᠠᠷ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ | ᠪᠠᠲᠤᠯᠠᠬᠤ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠨᠢ ᠬᠤᠶᠠᠷ ᠤᠯᠤᠰ ᠤᠨ ᠬᠠᠷᠢᠯᠴᠠᠭ᠎ᠠ ᠶᠢᠨ ᠢᠯᠡ ᠲᠣᠳᠣ ᠣᠨᠴᠠᠯᠢᠭ | ᠪᠣᠯᠵᠠᠢ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠶᠢᠨ ᠰᠠᠭᠤᠷᠢ ᠶᠠᠪᠤᠬᠤ ᠲᠤᠲᠤᠮ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢᠨ ᠬᠤᠯᠪᠣᠭᠠᠰᠤ ᠶᠠᠪᠤᠬᠤ ᠲᠤᠲᠤᠮ ᠪᠠᠬᠢᠵᠢᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠣᠷᠣᠨ ᠨᠤᠲᠤᠭ ᠤᠨ ᠶᠠᠪᠤᠯᠴᠠᠭ᠎ᠠ ᠶᠠᠪᠤᠬᠤ | ᠲᠤᠲᠤᠮ ᠰᠠᠶᠢᠵᠢᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠨᠠᠩ ᠢᠲᠡᠭᠡᠯ ᠲᠠᠢ ᠪᠥᠭᠡᠳ ᠯᠠᠪᠳᠠᠭᠤᠨ ᠲᠣᠭᠲᠠᠭᠤᠨ ᠪᠠᠲᠤ ᠪᠠᠬᠢ ᠪᠣᠯᠪᠠ | ᠃ ᠦᠷᠭᠦᠯᠵᠢᠯᠡᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠪᠠ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠬᠤ ᠶᠢ ᠵᠠᠯᠭᠠᠮᠵᠢᠯᠠᠬᠤ ᠳᠤ ᠪᠠᠶᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠮᠵᠢᠯᠲᠠ | ᠣᠯᠬᠤ ᠶᠢ ᠠᠬᠢᠭᠤᠯᠬᠤ᠂ ᠲᠤᠰ ᠲᠤᠰ ᠤᠨ ᠬᠥᠭᠵᠢᠯ ᠮᠠᠨᠳᠤᠯ ᠢᠶᠠᠨ ᠠᠬᠢᠭᠤᠯᠬᠤ ᠵᠠᠶᠢᠯᠠᠰᠢ ᠦᠭᠡᠢ ᠰᠣᠩᠭᠤᠯᠲᠠ ᠮᠥᠨ᠂ ᠪᠠᠰᠠ ᠴᠤ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠬᠤ ᠴᠠᠭ ᠦᠶ᠎ᠡ ᠶᠢᠨ | ᠤᠷᠢᠶᠠᠯᠠᠭ᠎ᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠣᠯᠣᠨ᠎ᠠ᠃ 80 ᠵᠢᠯ ᠤᠨ ᠡᠮᠦᠨ᠎ᠡ᠂ ᠳᠤᠮᠳᠠᠳᠤ | ᠤᠷᠤᠰ ᠬᠤᠶᠠᠷ ᠤᠯᠤᠰ ᠤᠨ ᠠᠷᠠᠳ ᠲᠦᠮᠡᠨ ᠯᠤᠲᠤ ᠶᠡᠭᠡ ᠦᠷᠡᠭᠳᠡᠯ ᠭᠠᠷᠭᠠᠵᠤ᠂ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠡᠯᠡᠬᠡᠢ ᠶᠢᠨ ᠡᠩᠬᠡ ᠲᠠᠶᠢᠪᠤᠩ | ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠠᠭᠠᠯᠠᠬᠤ ᠳᠤ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠲᠡᠦᠬᠡᠲᠦ ᠬᠤᠪᠢ ᠨᠡᠮᠡᠷᠢ ᠦᠵᠡᠭᠦᠯᠪᠡ | ᠃ ᠣᠳᠣᠬᠠᠨ ᠤ ᠳᠡᠯᠡᠬᠡᠢ ᠳᠡᠭᠡᠷᠡᠬᠢ ᠭᠠᠭᠴᠠ ᠲᠠᠯᠠᠲᠤ ᠦᠵᠡᠯ ᠤᠨ ᠰᠥᠷᠭᠡᠦ ᠤᠷᠤᠰᠬᠠᠯ ᠪᠣᠯᠣᠨ ᠬᠦᠴᠦᠷᠬᠡᠭᠯᠡᠯ ᠡᠵᠡᠷᠬᠡᠭ ᠠᠵᠢᠯᠯᠠᠭ᠎ᠠ ᠶᠢᠨ ᠡᠮᠦᠨ᠎ᠡ ᠳᠤᠮᠳᠠᠳᠤ | ᠤᠯᠤᠰ ᠤᠷᠤᠰ ᠤᠨ ᠬᠢᠨ ᠯᠤᠭ᠎ᠠ ᠬᠠᠮᠲᠤ ᠪᠠᠷ ᠳᠡᠯᠡᠬᠡᠢ ᠶᠢᠨ ᠲᠣᠮᠣ ᠤᠯᠤᠰ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠣᠨᠴᠠᠭᠠᠢ ᠬᠠᠷᠢᠭᠤᠴᠠᠯᠭ᠎ᠠ ᠶᠢ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠪᠣᠯᠣᠨ ᠪᠠᠶᠢᠷᠢ ᠰᠠᠭᠤᠷᠢ ᠶᠢ ᠬᠠᠮᠠᠭᠠᠯᠠᠵᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ | ᠬᠠᠮᠠᠭᠠᠯᠠᠵᠤ᠂ ᠳᠤᠮᠳᠠᠳᠤ ᠤᠷᠤᠰ ᠬᠤᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠡᠷᠬᠡ ᠠᠰᠢᠭ ᠢ ᠡᠷᠡᠰ ᠬᠠᠮᠠᠭᠠᠯᠠᠵᠤ᠂ ᠡᠷᠬᠡ ᠲᠡᠭᠰᠢ | ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠭᠠᠷ ᠬᠤᠯᠪᠣᠨ | ᠠᠬᠢᠭᠤᠯᠤᠨ᠎ᠠ ᠭᠡᠵᠦ ᠴᠢᠬᠤᠯᠠᠴᠢᠯᠠᠪᠠ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠡᠯ᠎ᠡ ᠬᠦᠷᠢᠶᠡᠨ ᠳᠠᠬᠢ | ᠬᠠᠮᠲᠤᠷᠠᠯᠴᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠰᠢ ᠶᠢᠨ ᠫᠢᠩ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠡᠭᠡ ᠴᠢᠭᠯᠡᠯ ᠢ ᠪᠠᠷᠢᠮᠲᠠᠯᠠᠵᠤ᠂ ᠭᠠᠳᠠᠭᠠᠳᠤ ᠣᠷᠴᠢᠨ ᠤ ᠬᠠᠷᠰᠢᠯᠠᠯ ᠢ | ᠠᠷᠢᠯᠭᠠᠵᠤ᠂ ᠬᠠᠮᠲᠤᠷᠠᠯᠴᠠᠭᠠᠨ ᠤ ︽ᠲᠣᠭᠲᠠᠭᠤᠨ︾ ᠤ ᠰᠠᠭᠤᠷᠢ ᠶᠢ ᠨᠡᠩ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠡᠨᠧᠷᠭᠢ ᠶᠢ ᠨᠡᠩ ᠭᠦᠢᠴᠡᠳ | ᠪᠣᠯᠭᠠᠶ᠎ᠠ᠃ ᠬᠤᠶᠠᠷ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠢᠰᠲ᠋ᠧᠮ ᠤᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ | ᠪᠠᠳᠠᠷᠠᠭᠤᠯᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠤᠶᠤᠨ ᠴᠢᠳᠠᠪᠤᠷᠢ | ᠵᠡᠷᠭᠡ ᠬᠦᠷᠢᠶᠡᠨ ᠳᠠᠬᠢ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠶ᠎ᠡ︔ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠪᠠ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢ ᠵᠣᠯᠭᠠᠭᠤᠯᠬᠤ ᠪᠠᠷ ᠲᠠᠪᠴᠠᠩ ᠪᠤᠯᠭᠠᠵᠤ᠂ ᠥᠨᠳᠥᠷ ᠪᠠᠷᠢᠮᠵᠢᠶᠠᠲᠤ ᠬᠤᠯᠪᠣᠯᠳᠤᠨ | ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠶ᠎ᠠ︔ ︽ᠳᠤᠮᠳᠠᠳᠤ ᠣᠷᠣᠰ ᠤᠨ ᠰᠣᠶᠣᠯ ᠤᠨ ᠣᠨ︾ ᠤ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠭᠠᠨ | ᠬᠥᠮᠦᠵᠢᠯ᠂ ᠺᠢᠨᠣ᠋᠂ ᠵᠢᠭᠤᠯᠴᠢᠯᠠᠯ᠂ ᠪᠡᠶ᠎ᠡ ᠶᠢᠨ ᠲᠠᠮᠢᠷ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠦᠨ ᠳᠠᠪᠬᠤᠷᠭ᠎ᠠ ᠶᠢᠨ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ | ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠬᠤᠪᠢᠰᠤᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ | ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠢᠯᠠᠨ ᠳᠠᠪᠠᠭ᠋ᠤ ᠢᠲᠡᠭᠡᠯ ᠵᠣᠷᠢᠭ ᠪᠢᠳᠡᠨ ᠳᠤ ᠪᠤᠢ᠃ ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠴᠥᠮ | ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ᠃ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠬᠠᠮᠲᠤ ᠪᠠᠷ ᠴᠠᠭ ᠦᠶ᠎ᠡ ᠠᠴᠠ ᠣᠯᠭᠤᠭᠰᠠᠨ | ᠣᠨᠴᠠᠭᠠᠶ ᠬᠠᠷᠢᠭᠤᠴᠠᠯᠭ᠎ᠠ ᠶᠢ ᠡᠭᠦᠷᠭᠡᠯᠡᠵᠦ᠂ ᠪᠦᠭᠦ ᠪᠥᠮᠪᠥᠷᠴᠡᠭ ᠤᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ | ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃ | ᠫᠦᠲ᠋ᠢᠨ᠂ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠡᠨᠡ | ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠬᠤ ᠪᠣᠯᠣᠨ᠎ᠠ | ᠭᠡᠵᠦ ᠢᠯᠡᠳᠬᠡᠪᠡ᠃ | ᠫᠦᠲ᠋ᠢᠨ᠂ ᠤᠷᠤᠰ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠪᠠᠶᠢᠭᠤᠯᠤᠭᠳᠠᠵᠤ᠂ | ᠭᠤᠷᠪᠠᠳᠠᠭᠴᠢ ᠡᠲᠡᠭᠡᠳ ᠲᠤ ᠴᠢᠭᠯᠡᠭᠦᠯᠬᠦ ᠦᠭᠡᠢ᠂ ᠨᠢᠭᠡᠨ ᠴᠠᠭ ᠨᠢᠭᠡᠨ ᠬᠡᠷᠡᠭ ᠶᠠᠪᠤᠳᠠᠯ ᠳᠤ ᠨᠥᠯᠥᠭᠡᠯᠡᠭᠳᠡᠬᠦ ᠦᠭᠡᠢ᠃ ᠤᠷᠤᠰ ᠳᠤᠮᠳᠠᠳᠤ ᠶᠢᠨ ᠬᠠᠷᠢᠯᠴᠠᠭ᠎ᠠ ᠶᠢᠨ | ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠤᠷᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠤ ᠠᠰᠠᠭᠤᠳᠠᠯ ᠳᠡᠭᠡᠷ᠎ᠡ | ᠢᠮᠠᠭᠲᠠ ᠳᠤᠮᠳᠠᠳᠤ ᠶᠢᠨ ᠲᠠᠯ᠎ᠠ ᠶᠢᠨ ᠵᠣᠭᠰᠣᠯᠲᠠ ᠶᠢ ᠳᠡᠮᠵᠢᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠨᠢᠭᠲᠠ | ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ᠂ ᠵᠢᠭᠤᠯᠴᠢᠯᠠᠯ ᠵᠡᠷᠭᠡ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠠᠯᠤᠰ ᠳᠣᠷᠣᠨᠠᠲᠤ ᠶᠢᠨ ᠭᠠᠵᠠᠷ ᠣᠷᠣᠨ ᠤ ᠬᠠᠮᠲᠤᠷᠠᠯᠴᠠᠭᠠᠨ ᠤ ᠠᠭᠤᠯᠬᠤᠨ ᠢ ᠥᠷᠭᠡᠳᠬᠡᠨ᠎ᠡ᠃ ᠥᠨᠳᠥᠷ | ᠪᠣᠭᠤᠮᠲᠠ ᠶᠢᠨ ᠭᠠᠶᠢᠯᠢ ᠶᠢ ᠨᠡᠮᠡᠵᠦ ᠲᠠᠲᠠᠪᠤᠷᠢᠯᠠᠬᠤ ᠨᠢ ᠬᠡᠪ ᠤᠨ ᠵᠦᠢ ᠶᠣᠰᠣ ᠠᠴᠠ ᠵᠥᠷᠢᠴᠡᠭᠰᠡᠨ ᠪᠥᠭᠡᠳ ᠬᠠᠤᠯᠢ ᠳᠤ ᠨᠡᠶᠢᠴᠡᠬᠦ ᠦᠭᠡᠢ᠂ ᠭᠡᠳᠡᠷᠭᠦ ᠳᠡᠭᠡᠨ | ᠥᠪᠡᠷ ᠢ ᠪᠠᠨ ᠬᠤᠬᠢᠷᠠᠭᠤᠯᠬᠤ ᠶᠠᠪᠤᠳᠠᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ | ᠴᠢᠩᠭᠠᠳᠬᠠᠵᠤ᠂ ᠳᠡᠯᠡᠬᠡᠢ ᠶᠢᠨ ᠤᠯᠠᠨ ᠲᠦᠢᠯᠵᠢᠯᠲᠠ ᠶᠢᠨ ᠠᠬᠢᠴᠠ ᠶᠢ ᠳᠡᠮᠵᠢᠵᠦ᠂ ᠭᠠᠭᠴᠠ ᠲᠠᠯᠠᠲᠤ ᠦᠵᠡᠯ ᠢ ᠬᠠᠮᠲᠤ ᠪᠠᠷ ᠡᠰᠡᠷᠭᠦᠴᠡᠵᠦ᠂ ᠳᠤᠷ᠎ᠠ ᠪᠠᠷ ᠢᠶᠠᠨ | ᠵᠠᠯᠬᠠᠭᠠᠯ ᠶᠠᠪᠤᠭᠤᠯᠬᠤ ᠶᠢ ᠡᠰᠡᠷᠭᠦᠴᠡᠵᠦ᠂ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ᠂ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ | ᠭᠡᠵᠦ ᠢᠯᠡᠳᠬᠡᠪᠡ᠃ | ᠫᠦᠲ᠋ᠢᠨ᠂ ᠤᠷᠤᠰ ᠳᠤᠮᠳᠠᠳᠤ ᠬᠤᠶᠠᠷ ᠤᠯᠤᠰ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠳᠤᠮᠳᠠ ᠴᠥᠮ ᠯᠤᠲᠤ ᠶᠡᠭᠡ ᠦᠷᠡᠭᠳᠡᠯ ᠭᠠᠷᠭᠠᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠢᠶᠠᠷ | ᠪᠠᠶᠢᠯᠳᠤᠵᠤ᠂ ᠶᠠᠫᠤᠨ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢ ᠣᠯᠬᠤ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠪᠡ᠃ ᠤᠷᠤᠰ ᠳᠤᠮᠳᠠᠳᠤ ᠬᠤᠶᠠᠷ ᠤᠯᠤᠰ ᠳᠠᠶᠢᠨ ᠤ ᠭᠠᠯ ᠳᠦᠷᠡᠯᠵᠡᠭᠰᠡᠨ ᠪᠡᠷᠬᠡ ᠬᠠᠲᠠᠭᠤᠵᠢᠯᠲᠠᠢ ᠣᠨ ᠰᠠᠷ᠎ᠠ ᠳᠤ ᠬᠠᠷᠢᠯᠴᠠᠨ | ᠳᠡᠮᠵᠢᠵᠦ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠳᠡᠯᠡᠬᠡᠢ ᠶᠢᠨ | ᠬᠤᠶᠠᠳᠤᠭᠠᠷ ᠲᠠᠶᠢᠨ ᠤ ᠲᠤᠬᠠᠢ ᠵᠥᠪ ᠲᠡᠦᠬᠡ ᠶᠢᠨ ᠲᠣᠭᠠᠴᠢᠯᠲᠠ ᠶᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠤᠶᠠᠷ | ᠤᠯᠤᠰ ᠪᠣᠯᠣᠨ ᠳᠡᠯᠡᠬᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ | ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ | ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ | ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ | ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃ | ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠬᠤᠶᠠᠷ ᠲᠠᠯ᠎ᠠ ᠶᠢᠨ 20 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ᠂ ᠤᠯᠠᠨ ᠤᠯᠤᠰ ᠤᠨ ᠬᠠᠤᠯᠢ ᠶᠢᠨ ᠡᠷᠬᠡ ᠰᠦᠷ ᠢ | ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ᠂ ᠪᠡᠯᠡ ᠣᠷᠣᠭᠤᠯᠤᠯᠲᠠ ᠶᠢᠨ ᠬᠠᠮᠠᠭᠠᠯᠠᠯᠲᠠ᠂ ᠲᠣᠭᠠᠴᠢᠯᠠᠭᠰᠠᠨ ᠠᠵᠤ ᠠᠬᠤᠢ᠂ ᠬᠢᠵᠢᠭ ᠢ ᠰᠢᠯᠭᠠᠨ | ᠪᠠᠶᠢᠴᠠᠭᠠᠬᠤ᠂ ᠺᠢᠨᠣ᠋ ᠶᠢᠨ ᠦᠢᠯᠡᠰ ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠤᠶᠠᠷ ᠲᠠᠯ᠎ᠠ ᠪᠠᠷ ᠢᠶᠠᠨ ᠲᠣᠬᠢᠷᠠᠯᠴᠠᠭᠰᠠᠨ | ᠬᠠᠮᠲᠤ ᠶᠢᠨ ᠲᠠᠨᠢᠯᠲᠠ ᠶᠣᠰᠣᠭᠠᠷ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠨᠡᠩ ᠤᠯᠠᠨ | ᠪᠣᠳᠠᠲᠤ ᠦᠷ᠎ᠡ ᠪᠦᠲᠦᠮᠵᠢ ᠣᠯᠬᠤ ᠶᠢ ᠳᠠᠭᠠᠭᠠᠯᠭᠠᠪᠠ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠲᠤᠰ ᠡᠳᠦᠷ ᠤᠨ ᠦᠳᠡ ᠳᠤ ᠫᠦᠲ᠋ᠢᠨ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |